Хаах

"ᠭᠠᠮᠰᠢᠭ ᠡᠴᠠ ᠬᠠᠮᠠᠭᠠᠯᠠᠬᠤ ᠦᠢᠯᠡ ᠠᠵᠢᠯᠯᠠᠭ᠎ᠠ ‍ᠤ ᠤᠳᠤᠷᠢᠳᠤᠯᠭ᠎ᠠ ᠶ᠋ᠢᠨ ᠪᠠᠷᠢᠮᠳᠠ ᠪᠢᠴᠢᠭ" ᠭᠠᠷ ‍ᠤᠨ ᠠᠪᠤᠯᠭ᠎ᠠ ᠶ᠋ᠢ ᠪᠤᠯᠪᠠᠰᠤᠷᠠᠭᠤᠯᠤᠯ᠎ᠠ

A- A A+

ᠤᠨᠴᠤᠭᠤᠢ ᠪᠠᠶ᠋ᠢᠳᠠᠯ ᠤᠨ ᠶᠡᠷᠦᠩᠬᠡᠢ ᠭᠠᠵᠠᠷ ᠡᠴᠠ ᠪᠦᠬᠦ ᠱᠠᠲᠤᠨ ᠤ ᠲᠥᠷᠥ ᠶ᠋ᠢᠨ ᠪᠣᠯᠤᠨ ᠨᠤᠲᠤᠭ ᠤᠨ ᠵᠠᠬᠢᠷᠭᠠᠨ ᠤ ᠪᠠᠶ᠋ᠢᠭᠤᠯᠤᠯᠭ᠎ᠠ ᠂ ᠬᠠᠤᠯᠢ ᠶ᠋ᠢᠨ ᠡᠲᠡᠭᠡᠳ ᠂ ᠣᠷᠣᠨ ᠨᠤᠲᠤᠭ ᠤᠨ ᠤᠳᠤᠷᠢᠳᠤᠯᠭ᠎ᠠ ᠪᠣᠯᠤᠨ ᠣᠷᠣᠯᠴᠠᠭᠴᠢ ᠲᠠᠯ᠎ᠠ  ‍ᠤᠳ ᠭᠠᠮᠰᠢᠭ ᠡᠴᠠ ᠬᠠᠮᠠᠭᠠᠯᠠᠬᠤ ᠦᠢᠯᠡ ᠠᠵᠢᠯᠯᠠᠭ᠎ᠠ ᠶ᠋ᠢ ᠬᠡᠷᠡᠭᠵᠢᠭᠦᠯᠬᠦ ᠳᠦ ᠪᠡᠨ ᠠᠰᠢᠭᠯᠠᠬᠤ ᠳᠤ ᠵᠣᠷᠢᠭᠤᠯᠵᠤ ᠬᠣᠯᠪᠣᠭᠳᠠᠬᠤ ᠬᠠᠤᠯᠢ ᠲᠣᠭᠲᠠᠭᠠᠮᠵᠢ ᠂ ᠡᠷᠬᠡ ᠵᠦᠢ ᠶ᠋ᠢᠨ ᠪᠠᠷᠢᠮᠲᠠ ᠪᠢᠴᠢᠭ ᠡᠴᠡ ᠲᠡᠭᠦᠪᠦᠷᠢᠯᠡᠨ ︽ ᠭᠠᠮᠰᠢᠭ ᠡᠴᠠ ᠬᠠᠮᠠᠭᠠᠯᠠᠬᠤ ᠦᠢᠯᠡ ᠠᠵᠢᠯᠯᠠᠭᠠᠨ ᠤ ᠤᠳᠤᠷᠢᠳᠤᠯᠭ᠎ᠠ ᠶ᠋ᠢᠨ ᠪᠠᠷᠢᠮᠲᠠ ᠪᠢᠴᠢᠭ ︾ ᠭᠠᠷ ᠤᠨ ᠠᠪᠤᠯᠭ᠎ᠠ ᠶ᠋ᠢ ᠡᠮᠬᠢᠳᠬᠡᠨ ᠪᠣᠯᠪᠠᠰᠤᠷᠠᠭᠤᠯᠤᠯ᠎ᠠ ᠃

ᠭᠠᠮᠰᠢᠭ ᠡᠴᠠ ᠬᠠᠮᠠᠭᠠᠯᠠᠬᠤ ᠦᠢᠯᠡ ᠠᠵᠢᠯᠯᠠᠭᠠᠨ ᠤ ᠤᠳᠤᠷᠢᠳᠤᠯᠭ᠎ᠠ ᠶ᠋ᠢᠨ ᠪᠠᠷᠢᠮᠲᠠ ᠪᠢᠴᠢᠭ ᠲᠦ ᠭᠠᠮᠰᠢᠭ ᠡᠴᠠ ᠬᠠᠮᠠᠭᠠᠯᠠᠬᠤ ᠦᠢᠯᠡ ᠠᠵᠢᠯᠯᠠᠭᠠᠨ ᠤ ᠦᠶ᠎ᠡ

ᠱᠠᠲᠤ ᠲᠤᠰ ᠪᠦᠷᠢ ᠳᠦ ᠬᠡᠷᠡᠭᠵᠢᠭᠦᠯᠬᠦ ᠠᠷᠭ᠎ᠠ ᠬᠡᠮᠵᠢᠶ᠎ᠡ ᠂ ᠲᠡᠭᠦᠨ ᠳᠦ ᠣᠷᠣᠯᠴᠠᠭᠴᠢ ᠲᠠᠯ᠎ᠠ ᠤᠳ ᠤᠨ ᠭᠦᠢᠴᠡᠳᠭᠡᠬᠦ ᠴᠢᠭ ᠡᠭᠦᠷᠭᠡ ᠂ ᠪᠠᠷᠢᠮᠲᠠᠯᠠᠬᠤ ᠡᠷᠬᠡ ᠵᠦᠢ ᠶ᠋ᠢᠨ ᠵᠣᠬᠢᠴᠠᠭᠤᠯᠤᠯᠲᠠ ᠶ᠋ᠢᠨ ᠲᠠᠯ᠎ᠠ ᠪᠠᠷ ᠬᠢ ᠣᠶ᠋ᠢᠯᠠᠭᠠᠯᠲᠠ ᠂ ᠮᠡᠳᠡᠭᠡᠯᠡᠯ ᠢ ᠴᠣᠭᠴᠠ ᠪᠠᠶ᠋ᠢᠳᠠᠯ ᠢᠶᠠᠷ ᠳᠤᠰᠭᠠᠬᠤ ᠵᠠᠷᠴᠢᠮ ᠢ ᠪᠠᠷᠢᠮᠲᠠᠯᠠᠭᠰᠠᠨ ᠃ ᠭᠠᠮᠰᠢᠭ ᠡᠴᠠ ᠬᠠᠮᠠᠭᠠᠯᠠᠬᠤ ᠦᠢᠯᠡ ᠠᠵᠢᠯᠯᠠᠭᠠᠨ ᠤ ᠤᠳᠤᠷᠢᠳᠤᠯᠭ᠎ᠠ ᠶ᠋ᠢᠨ ᠪᠠᠷᠢᠮᠲᠠ ᠪᠢᠴᠢᠭ ᠢ ᠠᠰᠢᠭᠯᠠᠬᠤ ᠠᠯᠪᠠᠨ ᠲᠤᠰᠢᠶᠠᠯᠲᠠᠨ ᠂ ᠬᠤᠪᠢ ᠬᠦᠮᠦᠨ ᠬᠡᠪᠯᠡᠵᠦ ᠣᠯᠠᠰᠢᠷᠠᠭᠤᠯᠬᠤ ᠂ ᠲᠡᠭᠦᠨᠴᠢᠯᠡᠨ ᠬᠣᠯᠪᠣᠭᠳᠠᠬᠤ ᠡᠷᠬᠡ ᠵᠦᠢ ᠶ᠋ᠢᠨ ᠵᠣᠬᠢᠴᠠᠭᠤᠯᠤᠯᠲᠠ ᠶ᠋ᠢᠨ ᠵᠢᠭᠰᠠᠭᠠᠯᠳᠠ ᠳᠤ ᠬᠣᠯᠪᠣᠭᠠᠰᠤ ᠶ᠋ᠢ ᠪᠠᠶᠢᠷᠰᠢᠭᠤᠯᠤᠭᠰᠠᠨ ᠢᠶᠠᠷ ᠤᠭ ᠬᠠᠤᠯᠢ ᠲᠣᠭᠲᠠᠭᠠᠮᠵᠢ ᠂ ᠳᠦᠷᠢᠮ ᠵᠢᠷᠤᠮ ᠂ ᠰᠲ᠋ᠠᠨᠳᠠᠷᠲ ᠤᠨ ᠡᠬᠡ ᠬᠤᠪᠢ ᠲᠠᠢ ᠲᠠᠨᠢᠯᠴᠠᠵᠤ ᠦᠢᠯᠡ ᠠᠵᠢᠯᠯᠠᠭᠠᠨ ᠳᠤ ᠪᠠᠨ ᠠᠰᠢᠭᠯᠠᠬᠤ ᠪᠣᠯᠤᠮᠵᠢ ᠲᠠᠢ ᠶᠤᠮ ᠃ ᠴᠢᠨᠠᠭᠰᠢᠳᠠ ᠡᠨᠡᠬᠦ ᠭᠠᠷ ᠤᠨ ᠠᠪᠤᠯᠭ᠎ᠠ ᠶ᠋ᠢᠨ ᠪᠦᠲᠦᠴᠡ ᠂ ᠠᠭᠤᠯᠭ᠎ᠠ ᠶ᠋ᠢ ᠭᠠᠮᠰᠢᠭ ᠡᠴᠠ ᠬᠠᠮᠠᠭᠠᠯᠠᠬᠤ ᠦᠢᠯᠡ ᠠᠵᠢᠯᠯᠠᠭᠠᠨ ᠤ ᠤᠳᠤᠷᠢᠳᠤᠯᠭ᠎ᠠ ᠂ ᠵᠣᠬᠢᠶᠠᠨ ᠪᠠᠶ᠋ᠢᠭᠤᠯᠤᠯᠲᠠ ᠂ ᠵᠣᠬᠢᠴᠠᠭᠤᠯᠤᠯᠲᠠ ᠂ ᠣᠷᠣᠯᠴᠠᠭᠴᠢ ᠲᠠᠯ᠎ᠠ ᠤᠳ ᠤᠨ ᠴᠢᠭ ᠡᠭᠦᠷᠭᠡ ᠂ ᠡᠷᠬᠡ ᠵᠦᠢ ᠶ᠋ᠢᠨ ᠪᠠᠷᠢᠮᠲᠠ ᠪᠢᠴᠢᠭ ᠲᠦ ᠥᠭᠡᠷᠡᠴᠢᠯᠡᠯᠲᠡ ᠤᠷᠤᠬᠤ ᠦᠶ᠎ᠡ ᠳᠦ ᠪᠣᠯᠤᠨ ᠢᠯᠡᠭᠦᠦ ᠰᠠᠶ᠋ᠢᠵᠢᠷᠠᠭᠤᠯᠬᠤ ᠵᠣᠷᠢᠯᠭ᠎ᠠ ᠪᠠᠷ ᠰᠢᠨᠡᠴᠢᠯᠡᠨ ᠪᠣᠯᠪᠠᠰᠤᠷᠠᠭᠤᠯᠤᠨ᠎ᠠ ᠃