Хаах

ᠭᠠᠮᠰᠢᠭ ‍ᠤᠨ ᠡᠷᠤᠰᠳᠡᠯ ‍ᠢ ᠪᠠᠭᠤᠷᠠᠭᠤᠯᠬᠤ ᠴᠢᠭᠯᠡᠯ ᠢᠶᠠᠷ ᠬᠡᠷᠡᠭᠵᠢᠭᠦᠯᠬᠦ ᠦᠢᠯᠡᠠᠵᠢᠯᠯᠠᠭ᠎ᠠ ‍ᠤ ᠵᠦᠪᠯᠡᠮᠵᠢ ᠭᠠᠷᠭᠠᠬᠤ ᠪᠡᠷ ᠪᠤᠯᠤᠯ᠎ᠠ

A- A A+
ᠭᠠᠮᠰᠢᠭ ‍ᠤᠨ ᠡᠷᠤᠰᠳᠡᠯ ‍ᠢ ᠪᠠᠭᠤᠷᠠᠭᠤᠯᠬᠤ ᠴᠢᠭᠯᠡᠯ ᠢᠶᠠᠷ ᠬᠡᠷᠡᠭᠵᠢᠭᠦᠯᠬᠦ  ᠦᠢᠯᠡᠠᠵᠢᠯᠯᠠᠭ᠎ᠠ ‍ᠤ ᠵᠦᠪᠯᠡᠮᠵᠢ ᠭᠠᠷᠭᠠᠬᠤ ᠪᠡᠷ ᠪᠤᠯᠤᠯ᠎ᠠ

ᠭᠠᠮᠰᠢᠭ ᠡᠴᠠ ᠤᠷᠢᠳᠴᠢᠯᠠᠨ ᠰᠡᠷᠭᠡᠶ᠋ᠢᠯᠡᠬᠦ ᠳᠦ ᠲᠥᠷᠥ ᠂  ᠬᠤᠪᠢ ᠤᠨ ᠬᠡᠪᠰᠢᠯ ᠪᠣᠯᠤᠨ ᠰᠠᠯᠪᠤᠷᠢ ᠳᠤᠮᠳᠠ ᠶ᠋ᠢᠨ ᠬᠠᠮᠲᠤ ᠶ᠋ᠢᠨ ᠠᠵᠢᠯᠯᠠᠭ᠎ᠠ ᠪᠠᠨ᠂ ᠢᠷᠭᠡᠳ ᠦᠨ ᠣᠷᠣᠯᠴᠠᠭ᠎ᠠ ᠶ᠋ᠢ ᠬᠠᠩᠭᠠᠬᠤ ᠂ ᠪᠣᠳᠣᠯᠭ᠎ᠠ ᠶ᠋ᠢᠨ ᠵᠥᠪᠯᠡᠮᠵᠢ ᠭᠠᠷᠭᠠᠬᠤ ᠴᠢᠡᠭ ᠡᠭᠦᠷᠭᠡ ᠲᠠᠢ ᠪᠡᠷ ᠪᠠᠶ᠋ᠢᠭᠤᠯᠤᠭᠰᠠᠨ ᠭᠠᠮᠰᠢᠭ ᠤᠨ ᠡᠷᠦᠰᠳᠡᠯ ᠢ ᠪᠠᠭᠤᠷᠠᠭᠤᠯᠬᠤ ᠦᠨᠳ᠋ᠦᠰᠦᠨ ᠦ ᠵᠥᠪᠯᠡᠯ ᠦᠨ 2023 ᠣᠨ ᠤ ᠡᠭᠡᠯᠵᠢᠲᠦ ᠬᠤᠷᠠᠯᠳᠤᠭᠠᠨ ᠪᠣᠯᠤᠯ᠎ᠠ ᠃ ᠭᠠᠮᠰᠢᠭ ᠤᠨ ᠡᠷᠦᠰᠳᠡᠯ ᠢ ᠪᠠᠭᠤᠷᠠᠭᠤᠯᠬᠤ ᠦᠨᠳ᠋ᠦᠰᠦᠨ ᠦ ᠵᠥᠪᠯᠡᠯ ᠨᠢ ᠭᠠᠮᠰᠢᠭ ᠤᠨ ᠡᠷᠦᠰᠳᠡᠯ ᠢ ᠪᠠᠭᠤᠷᠠᠭᠤᠯᠬᠤ ᠠᠰᠠᠭᠤᠳᠠᠯ ᠢ ᠮᠣᠩᠭᠣᠯ ᠤᠯᠤᠰ ᠤᠨ ᠬᠥᠭᠵᠢᠯ ᠦᠨ ᠪᠣᠳᠣᠯᠭ᠎ᠠ ᠲᠥᠯᠥᠪᠯᠡᠯᠲᠡ ᠶ᠋ᠢᠨ ᠪᠠᠷᠢᠮᠲᠠ ᠪᠢᠴᠢᠭ ᠲᠦ ᠲᠤᠰᠬᠠᠬᠤ ᠂ ᠱᠠᠭᠠᠷᠳᠠᠭᠳᠠᠬᠤ ᠬᠥᠷᠥᠩᠭᠡ ᠂ ᠬᠥᠷᠥᠩᠭᠡ  ‍ᠤᠨ ᠡᠬᠢ ᠡᠭᠦᠰᠪᠦᠷᠢ ᠶ᠋ᠢ ᠲᠤᠰᠬᠠᠭᠤᠯᠬᠤ ᠂ ᠲᠥᠷᠥ ᠂ ᠬᠤᠪᠢ ᠤᠨ ᠬᠡᠪᠰᠢᠯ ᠂ ᠰᠠᠯᠪᠤᠷᠢ ᠳᠤᠮᠳᠠ ᠶ᠋ᠢᠨ ᠬᠠᠮᠲᠤ ᠶ᠋ᠢᠨ ᠠᠵᠢᠯᠯᠠᠭ᠎ᠠ ᠪᠠᠨ᠂ ᠢᠷᠭᠡᠳ ᠦᠨ ᠣᠷᠣᠯᠴᠠᠭᠠᠨ ᠳᠤ ᠲᠤᠯᠭᠠᠭᠤᠷᠢᠯᠠᠭᠰᠠᠨ ᠭᠠᠮᠰᠢᠭ ᠤᠨ ᠡᠷᠦᠰᠳᠡᠯ ᠢ ᠪᠠᠭᠤᠷᠠᠭᠤᠯᠬᠤ ᠴᠣᠭᠴᠠ ᠠᠷᠭ᠎ᠠ ᠬᠡᠮᠵᠢᠶ᠎ᠡ ᠶ᠋ᠢ ᠬᠡᠷᠡᠭᠵᠢᠭᠦᠯᠬᠦ᠂ ᠰᠢᠨᠵᠢᠯᠡᠬᠦ ᠤᠬᠠᠭᠠᠨ᠂ ᠲᠧᠭᠨᠢᠭ ᠂ ᠲᠧᠭᠨᠣᠯᠣᠭᠢ ᠶ᠋ᠢᠨ ᠰᠢᠨ᠎ᠡ ᠣᠯᠤᠯᠲᠠ ᠂ ᠢᠨᠣᠸᠠᠼ ᠢ ᠨᠡᠪᠲᠡᠷᠡᠭᠦᠯᠬᠦ ᠲᠠᠯ᠎ᠠ ᠪᠠᠷ ᠵᠥᠪᠯᠡᠮᠵᠢ ᠂ ᠴᠢᠭᠯᠡᠯ ᠥᠭᠬᠦ ᠬᠠᠤᠯᠢ ᠪᠠᠷ ᠬᠦᠯᠢᠶᠡᠭᠰᠡᠨ ᠪᠦᠷᠢᠨ ᠡᠷᠬᠡ ᠶ᠋ᠢ ᠬᠡᠷᠡᠭᠵᠢᠭᠦᠯᠳᠡᠭ ᠶᠤᠮ᠃ ᠬᠤᠷᠠᠯᠳᠤᠭᠠᠨ ᠢᠶᠠᠷ ᠵᠥᠪᠯᠡᠯ ᠦᠨ 2022-2023 ᠣᠨ ᠳᠤ ᠬᠢᠵᠦ ᠬᠡᠷᠡᠭᠵᠢᠭᠦᠯᠦᠭᠰᠡᠨ ᠦᠢᠯᠡ ᠠᠵᠢᠯᠯᠠᠭᠠᠨ ᠤ ᠬᠡᠷᠡᠭᠵᠢᠯᠲᠡ ᠶ᠋ᠢᠨ ᠲᠠᠶᠢᠯᠤᠨ ᠢ ᠰᠣᠨᠣᠰᠴᠤ᠂ ᠴᠢᠨᠠᠭᠰᠢᠳᠠ ᠪᠠᠷᠢᠮᠲᠠᠯᠠᠬᠤ ᠴᠢᠭᠯᠡᠯ᠂ ᠠᠷᠭ᠎ᠠ ᠬᠡᠮᠵᠢᠶᠡᠨ ᠦ ᠲᠠᠯ᠎ᠠ ᠪᠠᠷ ᠬᠡᠯᠡᠯᠴᠡᠵᠦ ᠂ ᠬᠣᠯᠪᠣᠭᠳᠠᠬᠤ ᠪᠠᠶᠢᠭᠤᠯᠤᠯᠭ᠎ᠠ ᠤᠳ ᠡᠴᠠ ᠪᠦᠷᠢᠳ᠋ᠦᠭᠰᠡᠨ ᠠᠵᠢᠯ ᠤᠨ ᠬᠡᠰᠡᠭ ᠢ ᠪᠠᠶ᠋ᠢᠭᠤᠯᠤᠨ᠂ ᠭᠠᠮᠰᠢᠭ ᠤᠨ ᠡᠷᠦᠰᠳᠡᠯ ᠢ ᠪᠠᠭᠤᠷᠠᠭᠤᠯᠬᠤ ᠴᠢᠭᠯᠡᠯ ᠢᠶ᠋ᠡᠷ ᠬᠡᠷᠡᠭᠵᠢᠭᠦᠯᠬᠦ ᠦᠢᠯᠡ ᠠᠵᠢᠯᠯᠠᠭᠠᠨ ᠤ ᠵᠥᠪᠯᠡᠮᠵᠢ ᠭᠠᠷᠭᠠᠬᠤ ᠪᠠᠷ ᠪᠣᠯᠤᠯ᠎ᠠ ᠃