ᠦᠢᠯᠡᠳᠪᠦᠷᠢ ᠶ᠋ᠢᠨ ᠣᠰᠣᠯ ᠂ ᠪᠠᠶᠢᠭᠠᠯᠢ ᠶ᠋ᠢᠨ ᠭᠠᠮᠰᠢᠭ ᠡᠴᠠᠤᠷᠢᠳᠴᠢᠯᠠᠨ ᠰᠡᠷᠭᠡᠶ᠋ᠢᠯᠡᠬᠦ ᠂ ᠲᠡᠳᠡᠭᠡᠷ ᠦᠨ ᠬᠣᠣᠷ ᠤᠷᠰᠢᠭ ᠢ ᠠᠷᠢᠯᠭᠠᠬᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠮᠣᠩᠭᠣᠯ ᠤᠯᠤᠰ ᠤᠨ ᠵᠠᠰᠠᠭ ᠤᠨ ᠭᠠᠵᠠᠷ ᠂ ᠣᠷᠣᠰ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶ᠋ᠢᠨ ᠬᠡᠯᠡᠯᠴᠡᠭᠡᠷ ᠢ ᠬᠡᠷᠡᠭᠵᠢᠭᠦᠯᠬᠦ ︽ ᠮᠣᠩᠭᠣᠯ ᠣᠷᠣᠰ ᠤᠨ ᠬᠠᠮᠲᠤᠷᠠᠭᠰᠠᠨ ᠺᠣᠮᠢᠰ ᠤᠨ19 ᠳ᠋ᠦᠭᠡᠷ ᠬᠤᠷᠠᠯᠳᠤᠭᠠᠨ ︾ 2023 ᠣᠨ ᠤ ᠶᠢᠰᠤᠳᠦᠭᠡᠷ ᠰᠠᠷ᠎ᠠ ᠶ᠋ᠢᠨ 27 ᠤ ᠡᠳ᠋ᠦᠷ ᠪᠣᠯᠵᠤ ᠂ ᠲᠠᠯ᠎ᠠ ᠨᠤᠭᠤᠳ ᠫᠷᠤᠲ᠋ᠤᠺᠦᠯ ᠳᠤ ᠭᠠᠷ ᠤᠨ ᠦᠰᠦᠭ ᠵᠢᠷᠤᠯ᠎ᠠ ᠃ ᠬᠠᠮᠲᠤᠷᠠᠭᠰᠠᠨ ᠺᠣᠮᠢᠰ ᠤᠨ ᠬᠤᠷᠠᠯᠳᠤᠭᠠᠨ ᠢᠶᠠᠷ ᠮᠣᠩᠭᠣᠯ ᠤᠯᠤᠰ ᠤᠨ ᠤᠨᠴᠤᠭᠤᠢ ᠪᠠᠶ᠋ᠢᠳᠠᠯ ᠤᠨ ᠶᠡᠷᠦᠩᠬᠡᠢ ᠭᠠᠵᠠᠷ ᠂ ᠣᠷᠣᠰ ᠬᠣᠯᠪᠣᠭᠠᠨ ᠤ ᠤᠯᠤᠰ ᠤᠨ ᠢᠷᠭᠡᠨ ᠦ ᠬᠠᠮᠠᠭᠠᠯᠠᠯᠲᠠ ᠂ ᠤᠨᠴᠤᠭᠤᠢ ᠪᠠᠶ᠋ᠢᠳᠠᠯ ᠂ ᠲᠡᠳᠡᠭᠡᠷ ᠦᠨ ᠬᠣᠣᠷ ᠤᠷᠰᠢᠭ ᠢ ᠠᠷᠢᠯᠭᠠᠬᠤ ᠶᠠᠮᠤ ᠬᠣᠭᠣᠷᠣᠨᠳᠣ ᠶ᠋ᠢᠨ 2024-2025 ᠣᠨ ᠤ ᠬᠠᠮᠲᠤ ᠶ᠋ᠢᠨ ᠠᠵᠢᠯᠯᠠᠭᠠᠨ ᠤ ᠲᠥᠯᠥᠪᠯᠡᠭᠡ ᠶ᠋ᠢ ᠪᠠᠲᠤᠯᠠᠪᠠ ᠃ ᠲᠤᠰ ᠲᠥᠯᠦᠪᠯᠡᠭᠡᠨ ᠳᠦ ᠮᠣᠩᠭᠣᠯ ᠂ ᠣᠷᠣᠰ ᠂ ᠬᠢᠲᠠᠳ ᠭᠤᠷᠪᠠᠨ ᠤᠯᠤᠰ ᠤᠨ ᠭᠠᠯ ᠲᠦᠢᠮᠡᠷ ᠤᠨᠲᠠᠷᠠᠭᠠᠬᠤ ᠂ ᠠᠪᠤᠷᠠᠬᠤ ᠠᠯᠪᠠᠨ ᠤ ᠣᠯᠠᠨ ᠤᠯᠤᠰ ᠤᠨ ᠳᠠᠳᠤᠯᠭ᠎ᠠ ᠰᠤᠷᠭᠠᠯᠳᠠ ᠶ᠋ᠢ ᠵᠣᠬᠢᠶᠠᠨ ᠪᠠᠶ᠋ᠢᠭᠤᠯᠬᠤ ᠂ ᠮᠣᠩᠭᠣᠯ ᠤᠯᠤᠰ ᠤᠨ ᠤᠨᠴᠤᠭᠤᠢ ᠪᠠᠶ᠋ᠢᠳᠠᠯ ᠤᠨ ᠠᠯᠪᠠ ᠬᠠᠭᠠᠭᠴᠢᠳ ᠣᠯᠠᠨ ᠤᠯᠤᠰ ᠤᠨ ᠭᠠᠯ ᠲᠦᠢᠮᠡᠷ ᠤᠨᠲᠠᠷᠠᠭᠠᠬᠤ ᠂ ᠠᠪᠤᠷᠠᠬᠤ ᠠᠵᠢᠯᠯᠠᠭᠠᠨ ᠤ ᠳᠦᠷᠪᠡᠳᠦᠭᠡᠷ ᠶᠡᠬᠡ ᠬᠤᠷᠠᠯ ᠳᠤ ᠤᠷᠤᠯᠴᠠᠬᠤ ᠂ ᠬᠡᠢ ᠳᠠᠮᠵᠢᠭᠤᠯᠬᠤ ᠬᠣᠭᠣᠯᠠᠢ ᠂ ᠨᠧᠹᠲ ᠂ ᠬᠢᠮᠢ ᠶ᠋ᠢᠨ ᠪᠠᠶ᠋ᠢᠭᠤᠯᠤᠮᠵᠢ ᠳᠤ ᠭᠠᠷᠤᠭᠰᠠᠨ ᠭᠠᠯ ᠲᠦᠢᠮᠡᠷ ᠲᠡᠢ ᠲᠡᠮᠡᠴᠡᠬᠦ ᠴᠢᠭᠯᠡᠯ ᠢᠶ᠋ᠡᠷ ᠬᠠᠮᠲᠤᠷᠠᠭᠰᠠᠨ ᠰᠤᠷᠭᠠᠯᠲᠠ ᠨᠤᠭᠤᠳ ᠵᠣᠬᠢᠶᠠᠨ ᠪᠠᠶ᠋ᠢᠭᠤᠯᠬᠤ ᠵᠡᠷᠭᠡ ᠠᠵᠢᠯ ᠤᠳ ᠢ ᠲᠤᠰᠬᠠᠭᠰᠠᠨ ᠪᠠᠶ᠋ᠢᠨ᠎ᠠ ᠃ ᠲᠡᠭᠦᠨᠴᠢᠯᠡᠨ ᠬᠢᠯᠢ ᠣᠷᠴᠢᠮ ᠤᠨ ᠨᠤᠲᠤᠭ ᠳᠡᠪᠢᠰᠬᠡᠷ ᠲᠦ ᠬᠢᠯᠢ ᠳᠠᠮᠨᠠᠭᠰᠠᠨ ᠭᠠᠮᠰᠢᠭ ᠂ ᠪᠣᠯᠵᠣᠰᠢ ᠦᠭᠡᠢ ᠡᠷᠦᠰᠳᠡᠯ ᠡᠴᠡ ᠤᠷᠢᠳᠴᠢᠯᠠᠨ ᠰᠡᠷᠭᠡᠶ᠋ᠢᠯᠡᠬᠦ ᠂ ᠬᠢᠨᠠᠯᠲᠠ ᠲᠠᠯᠪᠢᠬᠤ ᠵᠣᠷᠢᠯᠭ᠎ᠠ ᠪᠠᠷ ᠪᠠᠲᠤᠯᠠᠭᠰᠠᠨ ᠰᠢᠭᠤᠷᠬᠠᠢ ᠮᠡᠳᠡᠭᠡᠯᠡᠯ ᠰᠤᠯᠢᠯᠴᠠᠬᠤ ᠵᠢᠷᠤᠮ ᠳᠤ ᠵᠢᠭᠠᠭᠰᠠᠨ ᠤ ᠳᠠᠭᠠᠤ ᠮᠡᠳᠡᠭᠡᠯᠡᠯ ᠰᠣᠯᠢᠯᠴᠠᠬᠤ ᠳᠤ ᠣᠨᠴᠠᠯᠠᠨ ᠠᠡᠭᠬᠠᠷᠤᠬᠤ ᠂ ᠠᠯᠪᠠ ᠬᠠᠭᠠᠭᠴᠢᠳ ᠢ ᠮᠡᠷᠭᠡᠰᠢᠭᠦᠯᠬᠦ ᠰᠤᠷᠭᠠᠯᠲᠠ ᠳᠤ ᠬᠠᠮᠤᠷᠤᠭᠤᠯᠬᠤ ᠂ ᠠᠪᠤᠷᠠᠬᠤ ᠠᠵᠢᠯᠯᠠᠭᠠᠨ ᠳᠤ ᠳᠡᠮᠵᠢᠯᠭᠡ ᠦᠵᠡᠭᠦᠯᠬᠦ ᠰᠡᠳᠬᠢᠯ ᠵᠦᠢᠴᠢ ᠪᠡᠯᠡᠳᠬᠡᠬᠦ ᠰᠤᠷᠭᠠᠯᠲᠠ ᠤᠳ ᠢ ᠬᠠᠮᠲᠤᠷᠠᠨ ᠵᠣᠬᠢᠶᠠᠨ ᠪᠠᠶ᠋ᠢᠭᠤᠯᠬᠤ ᠪᠠᠷ ᠲᠣᠬᠢᠷᠠᠯᠴᠠᠯ᠎ᠠ ᠃ ᠮᠣᠩᠭᠣᠯ ᠣᠷᠣᠰ ᠤᠨ ᠬᠠᠮᠲᠤᠷᠠᠭᠰᠠᠨ ᠺᠣᠮᠢᠰ ᠤᠨ ᠬᠤᠷᠢᠳᠤᠭᠠᠷ ᠬᠤᠷᠠᠯᠳᠤᠭᠠᠨ 2025 ᠣᠨ ᠳᠤ ᠣᠷᠣᠰ ᠬᠣᠯᠪᠣᠭᠠᠨ ᠤ ᠤᠯᠤᠰ ᠲᠤ ᠵᠤᠬᠢᠶᠠᠨ ᠪᠠᠶ᠋ᠢᠭᠤᠯᠤᠭᠳᠠᠨᠠ ᠃