Хаах

ᠣᠨᠴᠠᠭᠠᠢ ᠪᠠᠶᠢᠳᠠᠯ ᠤᠨ ᠪᠠᠶᠢᠭᠤᠯᠤᠯᠭ᠎ᠠ ᠶᠢᠨ ᠤᠳᠤᠷᠢᠳᠬᠤ ᠠᠵᠢᠯᠲᠠᠨ ᠤ ᠴᠤᠭᠯᠠᠷᠠᠯ ᠳᠤ ᠡᠬᠢᠯᠡᠯ᠎ᠡ

A- A A+
ᠣᠨᠴᠠᠭᠠᠢ ᠪᠠᠶᠢᠳᠠᠯ ᠤᠨ ᠪᠠᠶᠢᠭᠤᠯᠤᠯᠭ᠎ᠠ ᠶᠢᠨ ᠤᠳᠤᠷᠢᠳᠬᠤ ᠠᠵᠢᠯᠲᠠᠨ ᠤ ᠴᠤᠭᠯᠠᠷᠠᠯ ᠳᠤ ᠡᠬᠢᠯᠡᠯ᠎ᠡ

ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠠᠴᠠ ᠠᠯᠪᠠᠨ ᠤ ᠬᠡᠮᠵᠢᠶᠡᠨ ᠳᠦ ᠒᠐᠒᠓ ᠣᠨ ᠳᠤ ᠲᠠᠯᠪᠢᠭᠰᠠᠨ ᠵᠣᠷᠢᠯᠲᠠ᠂ ᠵᠣᠷᠢᠯᠭ᠎ᠠ ᠶᠢᠨ ᠢᠶᠠᠨ ᠪᠡᠶᠡᠯᠡᠯ ᠳᠦ᠂ ᠬᠢᠵᠦ ᠬᠡᠷᠡᠭᠵᠢᠭᠦᠯᠦᠭᠰᠡᠨ ᠠᠵᠢᠯ ᠢᠶᠠᠨ ᠳ᠋ᠦᠩᠨᠡᠵᠦ ᠴᠡᠩᠨᠡᠬᠦ᠂ ᠒᠐᠒᠔ ᠣᠨᠳᠣᠣ ᠬᠡᠷᠡᠭᠵᠢᠭᠦᠯᠬᠦ ᠦᠢᠯᠡ ᠠᠵᠢᠯᠯᠠᠭᠠᠨ ᠤ ᠪᠠᠨ ᠵᠣᠷᠢᠯᠲᠠ ᠶᠢ ᠲᠣᠳᠣᠷᠬᠠᠶᠢᠯᠠᠬᠤ ᠵᠣᠷᠢᠯᠭ᠎ᠠ ᠪᠠᠷ ᠵᠣᠬᠢᠶᠠᠨ ᠪᠠᠶᠢᠭᠤᠯᠵᠤ ᠪᠠᠶᠢᠭ᠎ᠠ 《ᠣᠨᠴᠠᠭᠠᠢ ᠪᠠᠶᠢᠳᠠᠯ ᠤᠨ ᠪᠠᠶᠢᠭᠤᠯᠤᠯᠭ᠎ᠠ ᠶᠢᠨ ᠤᠳᠤᠷᠢᠳᠬᠤ ᠠᠵᠢᠯᠲᠠᠨ ᠤ ᠴᠤᠭᠯᠠᠷᠠᠯ ᠳᠤ》 ᠥᠨᠥᠳᠥᠷ ᠡᠬᠢᠯᠡᠯ᠎ᠡ᠃
ᠨᠡᠭᠡᠭᠡᠯᠲᠡ ᠶᠢᠨ ᠠᠵᠢᠯᠯᠠᠭᠠᠨ ᠳᠤ ᠮᠣᠩᠭᠣᠯ ᠤᠯᠤᠰ ᠤᠨ ᠰᠢᠳᠠᠷ ᠰᠠᠶᠢᠳ ᠰ ∙ ᠠᠮᠤᠷᠰᠠᠶᠢᠬᠠᠨ ᠣᠷᠣᠯᠴᠠᠵᠤ ᠬᠡᠯᠡᠭᠰᠡᠨ ᠦᠭᠡᠨ ᠳᠦ ᠪᠡᠨ 《ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠒᠐᠑᠗ ᠣᠨ ᠠᠴᠠ 《ᠭᠠᠮᠰᠢᠭ ᠤᠨ ᠡᠷᠦᠰᠳᠡᠯ ᠢ ᠪᠠᠭᠤᠷᠠᠭᠤᠯᠬᠤ ᠰᠧᠨᠳᠠᠢ ᠶᠢᠨ ᠬᠦᠷᠢᠶ᠎ᠡ ᠬᠥᠲᠦᠯᠪᠦᠷᠢ ᠶᠢ ᠮᠣᠩᠭᠣᠯ ᠤᠯᠤᠰ ᠲᠤ ᠳᠤᠮᠳᠠ ᠬᠤᠭᠤᠴᠠᠭᠠᠨ ᠳᠤ ᠬᠡᠷᠡᠭᠵᠢᠭᠦᠯᠬᠦ ᠲᠥᠯᠦᠪᠯᠡᠭᠡ》 ᠍ ᠢ ᠭᠤᠷᠪᠠᠨ ᠦᠶ᠎ᠡ ᠱᠠᠲᠤ ᠲᠠᠢ ᠪᠠᠷ ᠬᠡᠷᠡᠭᠵᠢᠭᠦᠯᠵᠦ ᠪᠠᠶᠢᠨ᠎ᠠ᠃ ᠒᠐᠓᠐ ᠣᠨ ᠬᠦᠷᠲᠡᠯ᠎ᠡ ᠦᠷᠭᠦᠯᠵᠢᠯᠡᠬᠦ ᠡᠨᠡ ᠲᠥᠯᠦᠪᠯᠡᠭᠡᠨ ᠦ ᠬᠦᠷᠢᠶᠡᠨ ᠳᠦ ᠥᠩᠭᠡᠷᠡᠭᠰᠡᠨ ᠣᠨ ᠳᠤ ᠪᠢᠳᠡ ᠠᠷᠠᠳ ᠢᠷᠭᠡᠳ ᠦᠨ ᠢᠶᠡᠨ ᠠᠶᠤᠯ ᠦᠭᠡᠢ ᠤᠷᠴᠢᠨ ᠳᠤ ᠠᠮᠢᠳᠤᠷᠠᠬᠤ ᠨᠥᠬᠥᠴᠡᠯ ᠢ ᠪᠦᠷᠢᠳᠦᠭᠦᠯᠬᠦ᠂ ᠤᠯᠤᠰ ᠣᠷᠣᠨ ᠤ ᠨᠡᠶᠢᠭᠡᠮ᠂ ᠡᠳ᠋ ᠍ ᠦᠨ ᠵᠠᠰᠠᠭ ᠲᠤ ᠤᠴᠢᠷᠴᠢ ᠪᠣᠯᠵᠣᠰᠢ ᠦᠭᠡᠢ ᠭᠠᠮᠰᠢᠭ ᠤᠨ ᠡᠷᠦᠰᠳᠡᠯ ᠢ ᠤᠳᠤᠷᠢᠳᠤᠨ᠂ ᠲᠣᠭᠲᠠᠪᠤᠷᠢᠲᠠᠢ ᠬᠥᠭᠵᠢᠯ ᠢ ᠬᠠᠩᠭᠠᠬᠤ ᠴᠢᠭᠯᠡᠯ ᠳᠦ ᠣᠨᠴᠠᠭᠠᠢ ᠠᠩᠬᠠᠷᠤᠨ ᠠᠵᠢᠯᠯᠠᠭᠰᠠᠨ᠃ ᠮᠥᠨ ᠭᠠᠮᠰᠢᠭ ᠠᠴᠠ ᠬᠠᠮᠠᠭᠠᠯᠠᠬᠤ ᠡᠷᠬᠡ ᠵᠦᠢ ᠶᠢᠨ ᠣᠷᠴᠢᠨ ᠢ ᠰᠠᠶᠢᠵᠢᠷᠠᠭᠤᠯᠬᠤ᠂ ᠱᠲ᠋ᠠᠪ ᠤᠨ ᠪᠡᠯᠡᠳᠬᠡᠯ᠂ ᠲᠤᠰᠬᠠᠢ ᠠᠵᠢᠯᠯᠠᠭᠠᠨ ᠤ ᠤᠳᠤᠷᠢᠳᠤᠯᠭ᠎ᠠ ᠶᠢᠨ ᠴᠢᠳᠠᠪᠬ᠎ᠠ ᠶᠢ ᠪᠡᠬᠢᠵᠢᠭᠦᠯᠬᠦ᠂ ᠬᠣᠯᠪᠣᠭ᠎ᠠ᠂ ᠵᠠᠷᠯᠠᠨ ᠮᠡᠳᠡᠭᠡᠯᠡᠯ ᠢ ᠰᠠᠶᠢᠵᠢᠷᠠᠭᠤᠯᠬᠤ᠂ ᠦᠢᠯᠡ ᠠᠵᠢᠯᠯᠠᠭᠠᠨ ᠳᠤ ᠪᠠᠨ ᠢᠨᠨᠣᠸᠠᠼ ᠢ ᠰᠢᠩᠭᠡᠭᠡᠬᠦ ᠠᠵᠢᠯ ᠤᠳ ᠪᠣᠳᠠᠲᠠᠢ ᠦᠷ᠎ᠡ ᠳ᠋ᠦᠩ ᠳᠦ ᠬᠦᠷᠦᠭᠰᠡᠨ᠃ ᠒᠐᠒᠓ ᠣᠨ ᠳᠤ ᠣᠨᠴᠠᠭᠠᠢ ᠪᠠᠶᠢᠳᠠᠯ ᠤᠨ ᠪᠠᠶᠢᠭᠤᠯᠤᠯᠭ᠎ᠠ ᠶᠢᠨ ᠠᠯᠪᠠ ᠬᠠᠭᠠᠭᠴᠢᠳ ᠘᠒᠖᠐ ᠬᠦᠮᠦᠨ ᠦ ᠠᠮᠢ ᠨᠠᠰᠤ᠂ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ᠂ ᠢᠷᠭᠡᠳ ᠦᠨ ᠓᠗᠒᠂᠒ ᠲᠡᠷᠪᠤᠮ ᠲᠥᠭᠦᠷᠢᠭ ᠦᠨ ᠡᠳ᠋ ᠬᠥᠷᠦᠩᠭᠡ ᠶᠢ ᠠᠪᠤᠷᠠᠨ ᠬᠠᠮᠠᠭᠠᠯᠠᠭᠰᠠᠨ᠃ ᠒᠐᠒᠔ ᠣᠨ ᠳᠤ ᠮᠣᠩᠭᠣᠯ ᠤᠯᠤᠰ ᠤᠨ ᠵᠠᠰᠠᠭ ᠤᠨ ᠭᠠᠵᠠᠷ 《ᠰᠢᠨ᠎ᠡ ᠰᠡᠷᠭᠦᠯᠲᠡ ᠶᠢᠨ ᠪᠣᠳᠣᠯᠭ᠎ᠠ》 ᠍ ᠤᠨ ᠬᠦᠷᠢᠶᠡᠨ ᠳᠦ ᠢᠷᠭᠡᠳ ᠦᠨ ᠪᠣᠳᠠᠲᠤ ᠣᠷᠣᠯᠭ᠎ᠠ ᠶᠢ ᠬᠠᠮᠠᠭᠠᠯᠠᠬᠤ᠂ ᠬᠣᠲᠠ ᠬᠥᠳᠡᠭᠡ ᠶᠢᠨ ᠰᠡᠷᠭᠦᠯᠲᠡ ᠶᠢ ᠳᠡᠮᠵᠢᠬᠦ᠂ ᠣᠨᠴᠠ ᠴᠢᠬᠤᠯᠠ ᠱᠠᠭᠠᠷᠳᠠᠯᠭ᠎ᠠ ᠲᠠᠢ ᠰᠠᠯᠪᠤᠷᠢ ᠶᠢᠨ ᠴᠢᠳᠠᠪᠬ᠎ᠠ ᠶᠢ ᠪᠡᠬᠢᠵᠢᠭᠦᠯᠬᠦ ᠵᠣᠷᠢᠯᠭ᠎ᠠ ᠲᠠᠢ ᠲᠥᠰᠥᠪ ᠪᠠᠲᠤᠯᠠᠭᠤᠯᠤᠨ᠂ ᠬᠡᠷᠡᠭᠵᠢᠭᠦᠯᠵᠦ ᠡᠬᠢᠯᠡᠭᠡᠳ ᠪᠠᠶᠢᠨ᠎ᠠ᠃ ᠒᠐᠒᠔ ᠣᠨ ᠳᠤ ᠣᠨᠴᠠᠭᠠᠢ ᠪᠠᠶᠢᠳᠠᠯ ᠤᠨ ᠪᠠᠶᠢᠭᠤᠯᠤᠯᠭ᠎ᠠ ᠶᠢᠨ ᠲᠧᠭᠨᠢᠭ᠂ ᠲᠣᠨᠣᠭ ᠲᠥᠬᠦᠭᠡᠷᠦᠮᠵᠢ ᠶᠢᠨ ᠬᠠᠩᠭᠠᠯᠲᠠ ᠶᠢ ᠰᠠᠶᠢᠵᠢᠷᠠᠭᠤᠯᠬᠤ᠂ ᠬᠥᠷᠦᠩᠭᠡ ᠣᠷᠣᠭᠤᠯᠤᠯᠲᠠ ᠶᠢ ᠨᠡᠮᠡᠭᠳᠡᠭᠦᠯᠬᠦ᠂ ᠠᠯᠪᠠᠨ ᠤ ᠦᠢᠯᠡ ᠠᠵᠢᠯᠯᠠᠭ᠎ᠠ ᠶᠢ ᠰᠲ᠋ᠠᠨᠳᠠᠷᠲ ᠤᠨ ᠱᠠᠭᠠᠷᠳᠠᠯᠭ᠎ᠠ ᠳᠤ ᠨᠡᠶᠢᠴᠡᠭᠦᠯᠦᠨ ᠵᠣᠬᠢᠶᠠᠨ ᠪᠠᠶᠢᠭᠤᠯᠬᠤ ᠳᠤ ᠣᠨᠴᠠᠭᠠᠢ ᠠᠩᠬᠠᠷᠤᠯ ᠬᠠᠨᠳᠤᠭᠤᠯᠬᠤ ᠵᠢᠯ ᠪᠠᠶᠢᠬᠤ ᠪᠣᠯᠤᠨ᠎ᠠ᠃ ᠲᠠ ᠪᠦᠬᠦᠨ ᠰᠢᠨ᠎ᠡ ᠣᠨ ᠳᠤ ᠳᠡᠪᠰᠢᠭᠦᠯᠵᠦ ᠪᠤᠢ ᠵᠣᠷᠢᠯᠭ᠎ᠠ᠂ ᠵᠣᠷᠢᠯᠲᠠ ᠪᠠᠨ ᠠᠮᠵᠢᠯᠲᠠᠲᠠᠢ ᠬᠡᠷᠡᠭᠵᠢᠭᠦᠯᠵᠦ᠂ ᠡᠬᠡ ᠣᠷᠣᠨ ᠤ ᠪᠠᠨ ᠨᠡᠶᠢᠭᠡᠮ᠂ ᠡᠳ᠋ ᠍ ᠦᠨ ᠵᠠᠰᠠᠭ ᠤᠨ ᠲᠣᠭᠲᠠᠪᠤᠷᠢᠲᠠᠢ ᠬᠥᠭᠵᠢᠯ᠂ ᠬᠦᠮᠦᠨ ᠠᠮᠠ ᠶᠢᠨ ᠠᠶᠤᠯ ᠦᠭᠡᠢ ᠪᠠᠶᠢᠳᠠᠯ ᠢ ᠬᠠᠩᠭᠠᠬᠤ ᠠᠷᠢᠭᠤᠨ ᠦᠢᠯᠡᠰ ᠲᠦ ᠪᠡᠨ ᠥᠨᠳᠥᠷ ᠠᠮᠵᠢᠯᠲᠠ ᠭᠠᠷᠭᠠᠨ ᠠᠵᠢᠯᠯᠠᠨ᠎ᠠ ᠭᠡᠳᠡᠭ ᠲᠦ ᠢᠲᠡᠭᠡᠯ ᠳᠦᠭᠦᠷᠡᠩ ᠪᠠᠶᠢᠨ᠎ᠠ》 ᠭᠡᠯ᠎ᠡ᠃
ᠴᠤᠭᠯᠠᠷᠠᠯᠲᠠ ᠳᠤ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠤᠨ ᠪᠦᠲᠦᠴᠡ ᠶᠢᠨ ᠨᠢᠭᠡᠴᠡ ᠶᠢᠨ ᠭᠠᠵᠠᠷ᠂ ᠬᠡᠯᠲᠡᠰ᠂ ᠲᠠᠰᠤᠭ ᠤᠨ ᠳᠠᠷᠤᠭ᠎ᠠ ᠨᠠᠷ᠂ ᠲᠥᠪ᠂ ᠣᠷᠣᠨ ᠨᠤᠲᠤᠭ ᠤᠨ ᠣᠨᠴᠠᠭᠠᠢ ᠪᠠᠶᠢᠳᠠᠯ ᠤᠨ ᠪᠠᠶᠢᠭᠤᠯᠤᠯᠭ᠎ᠠ ᠶᠢᠨ ᠳᠠᠷᠤᠭ᠎ᠠ᠂ ᠵᠠᠬᠢᠷᠤᠭᠴᠢ ᠨᠠᠷ ᠤᠨ ᠑᠐᠐ ᠭᠠᠷᠤᠢ ᠤᠳᠤᠷᠢᠳᠬᠤ ᠪᠦᠷᠢᠯᠳᠦᠬᠦᠨ ᠣᠷᠣᠯᠴᠠᠵᠤ ᠪᠠᠶᠢᠨ᠎ᠠ᠃
ᠡᠨᠡ ᠰᠠᠷ᠎ᠠ ᠶᠢᠨ ᠑᠒ ᠍ ᠨ ᠢ ᠬᠦᠷᠲᠡᠯ᠎ᠡ ᠦᠷᠭᠦᠯᠵᠢᠯᠡᠬᠦ ᠲᠤᠰ ᠴᠤᠭᠯᠠᠷᠠᠯᠲᠠ ᠪᠠᠷ ᠤᠳᠤᠷᠢᠳᠬᠤ ᠠᠵᠢᠯᠲᠠᠨ ᠤ ᠮᠠᠩᠯᠠᠶᠢᠯᠠᠯ᠂ ᠬᠥᠭᠵᠢᠯ ᠦᠨ ᠴᠢᠭ ᠬᠠᠨᠳᠤᠯᠭ᠎ᠠ ᠶᠢᠨ ᠲᠠᠯ᠎ᠠ ᠪᠠᠷ ᠰᠢᠨ᠎ᠡ ᠮᠡᠳᠡᠭᠡᠯᠡᠯ ᠥᠭᠬᠦ ᠰᠤᠷᠭᠠᠯᠲᠠ ᠨᠤᠭᠤᠳ ᠢ ᠵᠣᠬᠢᠶᠠᠨ ᠪᠠᠶᠢᠭᠤᠯᠵᠤ᠂ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠤᠨ ᠬᠠᠷᠢᠶ᠎ᠠ ᠨᠢᠭᠡᠴᠡ᠂ ᠲᠥᠪ᠂ ᠣᠷᠣᠨ ᠨᠤᠲᠤᠭ ᠤᠨ ᠣᠨᠴᠠᠭᠠᠢ ᠪᠠᠶᠢᠳᠠᠯ ᠤᠨ ᠪᠠᠶᠢᠭᠤᠯᠤᠯᠭ᠎ᠠ ᠶᠢᠨ ᠭᠦᠢᠴᠡᠳᠬᠡᠯ ᠦᠨ ᠲᠥᠯᠥᠪᠯᠡᠭᠡ ᠶᠢ ᠪᠠᠲᠤᠯᠠᠬᠤ ᠶᠤᠮ ᠭᠡᠵᠦ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠠᠴᠠ ᠮᠡᠳᠡᠭᠡᠯᠡᠯ᠎ᠡ᠃